«ᠴᠠᠬᠢᠮ ᠡᠮᠦᠨᠡᠭᠣᠪᠢ»᠂ «ᠴᠠᠬᠢᠮ ᠳᠤᠮᠳᠠᠭᠣᠪᠢ» ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠯ᠎ᠠ


ᠮᠣᠩᠭᠤᠯ ᠤᠯᠤᠰ ᠤᠨ ᠵᠠᠰᠠᠭ ᠤᠨ ᠭᠠᠵᠠᠷ ᠠᠴᠠ ᠳ᠋ᠢᠵᠢᠲ᠋ᠠᠯ ᠰᠢᠯᠵᠢᠯᠲᠡ ᠶᠢ ᠡᠷᠴᠢᠮᠵᠢᠭᠦᠯᠬᠦ᠂ ᠲᠥᠷᠦ ᠶᠢᠨ ᠦᠢᠯᠡᠴᠢᠯᠡᠭᠡ ᠶᠢ ᠢᠷᠭᠡᠳ ᠲᠦ ᠬᠦᠷᠲᠡᠭᠡᠮᠵᠢ ᠲᠡᠶ᠂ ᠰᠢᠭᠤᠷᠬᠠᠢ ᠬᠦᠷᠭᠡᠬᠦ ᠵᠣᠷᠢᠯᠭ᠎ᠠ ᠪᠠᠷ «ᠴᠠᠬᠢᠮ ᠠᠶᠢᠮᠠᠭ–ᠤᠬᠠᠭᠠᠯᠢᠭ ᠬᠣᠲᠠ» ᠵᠥᠪᠯᠡᠮᠵᠢ ᠶᠢ ᠦᠶ᠎ᠡ ᠱᠠᠲᠤ ᠲᠠᠢ ᠬᠡᠷᠡᠭᠵᠢᠭᠦᠯᠵᠦ ᠪᠠᠶᠢᠨ᠎ᠠ᠃

ᠡᠨᠡ ᠬᠦᠷᠢᠶᠡᠨ ᠳᠦ «ᠴᠠᠬᠢᠮ ᠢᠶᠠᠷ ᠨᠡᠩ ᠲᠡᠷᠢᠭᠦᠨ ᠳᠦ» ᠪᠣᠳᠤᠯᠭ᠎ᠠ ᠶᠢᠨ ᠵᠥᠪᠯᠡᠮᠵᠢ ᠶᠢᠨ ᠬᠡᠷᠡᠭᠵᠢᠯᠲᠡ ᠶᠢ ᠬᠠᠩᠭᠠᠬᠤ ᠵᠣᠷᠢᠯᠭ᠎ᠠ ᠪᠠᠷ «ᠴᠠᠬᠢᠮ ᠡᠮᠦᠨᠡᠭᠣᠪᠢ»᠂ «ᠴᠠᠬᠢᠮ ᠳᠤᠮᠳᠠᠭᠣᠪᠢ» ᠠᠷᠭ᠎ᠠ ᠬᠡᠮᠵᠢᠶ᠎ᠡ ᠶᠢ 2026 ᠣᠨ ᠤ 10 ᠳ᠋ᠤᠭᠠᠷ ᠰᠠᠷ᠎ᠠ ᠶᠢᠨ 25–29 ᠤ ᠡᠳᠦᠷ ᠦᠳ ᠲᠦ ᠡᠮᠦᠨᠡᠭᠣᠪᠢ ᠠᠶᠢᠮᠠᠭ ᠤᠨ ᠳᠠᠯᠠᠨᠵᠠᠳᠠᠭᠠᠳ᠂ ᠳᠤᠮᠳᠠᠭᠣᠪᠢ ᠠᠶᠢᠮᠠᠭ ᠤᠨ ᠰᠠᠶᠢᠨᠴᠠᠭᠠᠨ ᠬᠣᠲᠠ ᠳᠤ ᠵᠣᠬᠢᠶᠠᠨ ᠪᠠᠶᠢᠭᠤᠯᠤᠯ᠎ᠠ᠃

ᠠᠷᠭ᠎ᠠ ᠬᠡᠮᠵᠢᠶᠡᠨ ᠳᠦ ᠴᠠᠬᠢᠮ ᠬᠥᠭᠵᠢᠯ᠂ ᠢᠨ᠋᠊᠊ᠨᠣᠸᠠᠼ᠂ ᠬᠠᠷᠢᠯᠴᠠᠭ᠎ᠠ ᠬᠣᠯᠪᠤᠭᠠᠨ ᠤ ᠰᠠᠶᠢᠳ ᠴᠦ᠊·ᠨᠣᠮᠢᠨ᠂ ᠲᠤᠰ ᠶᠠᠮᠤᠨ ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ ᠴᠦ᠊·ᠵᠣᠯᠪᠠᠶᠠᠷ᠂ ᠡᠮᠦᠨᠡᠭᠣᠪᠢ ᠠᠶᠢᠮᠠᠭ ᠤᠨ ᠵᠠᠰᠠᠭ ᠳᠠᠷᠤᠭ᠎ᠠ ᠨ᠊·ᠡᠩᠬᠡᠪᠠᠲᠤ ᠪᠣᠯᠤᠨ ᠬᠣᠯᠪᠤᠭᠳᠠᠬᠤ ᠪᠠᠶᠢᠭᠤᠯᠤᠯᠭ᠎ᠠ ᠶᠢᠨ ᠤᠳᠤᠷᠢᠳᠤᠯᠭ᠎ᠠ᠂ ᠮᠡᠷᠭᠡᠵᠢᠯᠲᠡᠨ᠂ ᠲᠥᠷᠦ ᠶᠢᠨ ᠪᠠᠶᠢᠭᠤᠯᠤᠯᠭ᠎ᠠ᠂ ᠨᠤᠲᠤᠭ ᠤᠨ ᠵᠠᠬᠢᠷᠭ᠎ᠠ᠂ ᠬᠤᠪᠢ ᠶᠢᠨ ᠬᠡᠪᠰᠢᠯ ᠦᠨ ᠲᠥᠯᠦᠭᠡᠯᠡᠯ ᠣᠷᠤᠯᠴᠠᠪᠠ᠃

ᠲᠤᠰ ᠠᠷᠭ᠎ᠠ ᠬᠡᠮᠵᠢᠶᠡᠨ ᠳᠦ «ᠢ-ᠮᠣᠩᠭᠤᠯ ᠠᠻᠠᠳᠧᠮᠢ» ᠤᠯᠤᠰ ᠤᠨ ᠲᠥᠰᠦᠪᠲᠦ ᠦᠢᠯᠡᠳᠪᠦᠷᠢ ᠶᠢᠨ ᠭᠠᠵᠠᠷ ᠤᠨ ᠴᠠᠬᠢᠮ ᠦᠢᠯᠡᠴᠢᠯᠡᠭᠡᠨ ᠦ ᠴᠢᠨᠠᠷ᠂ ᠬᠡᠷᠡᠭᠯᠡᠭᠴᠢ ᠶᠢᠨ ᠲᠤᠷᠰᠢᠯᠭ᠎ᠠ᠂ ᠰᠤᠷᠭᠠᠯᠲᠠ ᠶᠢᠨ ᠬᠡᠯᠲᠡᠰ ᠦᠨ ᠮᠡᠷᠭᠡᠵᠢᠯᠲᠡᠨ ᠰ᠊·ᠭᠠᠯᠰᠠᠩᠳᠠᠰᠢ ᠣᠷᠤᠨ ᠨᠤᠲᠤᠭ ᠤᠨ ᠲᠥᠷᠦ ᠶᠢᠨ ᠠᠯᠪᠠᠨ ᠬᠠᠭᠠᠭᠴᠢᠳ ᠲᠤ ᠲᠥᠷᠦ ᠶᠢᠨ ᠦᠢᠯᠡᠴᠢᠯᠡᠭᠡᠨ ᠦ ᠨᠢᠭᠡᠳᠦᠭᠰᠡᠨ E-Mongolia ᠰᠢᠰᠲ᠋ᠧᠮ᠂ ᠪᠢᠽᠢᠨᠧᠰ ᠡᠷᠬᠢᠯᠡᠭᠴᠢᠳ ᠲᠦ ᠵᠣᠷᠢᠭᠤᠯᠤᠭᠰᠠᠨ E-Business ᠫᠯᠠᠲ᠋ᠹᠣᠷᠮ ᠤᠨ ᠬᠡᠷᠡᠭᠯᠡᠭᠡ᠂ ᠲᠥᠷᠦ ᠶᠢᠨ ᠴᠠᠬᠢᠮ ᠦᠢᠯᠡᠴᠢᠯᠡᠭᠡ ᠪᠣᠯᠤᠨ ᠴᠠᠬᠢᠮ ᠤᠷ᠎ᠠ ᠴᠢᠳᠠᠪᠤᠷᠢ ᠶᠢ ᠳᠡᠭᠡᠭᠰᠢᠯᠠᠭᠦᠯᠬᠦ ᠴᠢᠭᠯᠡᠯ ᠢᠶᠡᠷ ᠰᠤᠷᠭᠠᠯᠲᠠ ᠵᠣᠬᠢᠶᠠᠨ ᠪᠠᠶᠢᠭᠤᠯᠵᠤ᠂ ᠮᠡᠳᠡᠭᠡᠯᠡᠯ᠂ ᠵᠥᠪᠯᠡᠮᠵᠢ ᠪᠡᠷ ᠬᠠᠩᠭᠠᠵᠢ ᠠᠵᠢᠯᠯᠠᠯ᠎ᠠ᠃

ᠮᠥᠨ ᠢᠷᠭᠡᠳ᠂ ᠠᠬᠠᠮᠠᠳ ᠨᠠᠰᠤᠲᠠᠨ᠂ ᠬᠡᠦᠬᠡᠳ ᠲᠦ ᠵᠣᠷᠢᠭᠤᠯᠤᠭᠰᠠᠨ ᠴᠠᠬᠢᠮ ᠤᠷ᠎ᠠ ᠴᠢᠳᠠᠪᠤᠷᠢ ᠶᠢᠨ ᠰᠤᠷᠭᠠᠯᠲᠠ᠂ ᠵᠥᠪᠯᠡᠭᠡ᠂ ᠲᠥᠷᠦ ᠶᠢᠨ ᠴᠠᠬᠢᠮ ᠦᠢᠯᠡᠴᠢᠯᠡᠭᠡᠨ ᠦ ᠳᠠᠨᠢᠯᠴᠠᠭᠤᠯᠭ᠎ᠠ᠂ ᠫᠷᠠᠻᠲ᠋ᠢᠭ ᠳᠠᠳᠤᠯᠭ᠎ᠠ ᠠᠵᠢᠯ ᠢ ᠵᠣᠬᠢᠶᠠᠨ ᠪᠠᠶᠢᠭᠤᠯᠤᠯ᠎ᠠ᠃

«ᠴᠠᠬᠢᠮ ᠡᠮᠦᠨᠡᠭᠣᠪᠢ»᠂ «ᠴᠠᠬᠢᠮ ᠳᠤᠮᠳᠠᠭᠣᠪᠢ» ᠠᠷᠭ᠎ᠠ ᠬᠡᠮᠵᠢᠶ᠎ᠡ ᠨᠢ ᠣᠷᠤᠨ ᠨᠤᠲᠤᠭ ᠲᠤ ᠲᠥᠷᠦ ᠶᠢᠨ ᠴᠠᠬᠢᠮ ᠦᠢᠯᠡᠴᠢᠯᠡᠭᠡᠨ ᠦ ᠬᠡᠷᠡᠭᠯᠡᠭᠡ᠂ ᠬᠦᠷᠲᠡᠭᠡᠮᠵᠢ ᠶᠢ ᠨᠡᠮᠡᠭᠳᠡᠭᠦᠯᠬᠦ᠂ ᠢᠷᠭᠡᠳ ᠦᠨ ᠴᠠᠬᠢᠮ ᠤᠷ᠎ᠠ ᠴᠢᠳᠠᠪᠤᠷᠢ ᠶᠢ ᠳᠡᠮᠵᠢᠬᠦ᠂ ᠲᠥᠷᠦ ᠶᠢᠨ ᠠᠯᠪᠠᠨ ᠬᠠᠭᠠᠭᠴᠢᠳ ᠤᠨ ᠴᠠᠬᠢᠮ ᠴᠢᠳᠠᠪᠬᠢ ᠶᠢ ᠪᠡᠬᠢᠵᠢᠭᠦᠯᠬᠦ ᠳᠦ ᠴᠢᠭᠯᠡᠵᠦ ᠪᠠᠶᠢᠨ᠎ᠠ᠃

ᠴᠠᠬᠢᠮ ᠢᠶᠠᠷ ᠰᠶᠢᠳᠴᠦ ᠴᠠᠭ᠎ᠠ ᠬᠡᠮᠨᠡᠶ ᠡ ᠢ-ᠮᠣᠩᠭᠣᠯᠢᠶ ᠠ

ᠨᠡᠶᠢᠲᠡᠯᠡᠭᠰᠡᠨ᠄