INTERNET SOCIETY ᠪᠠᠶᠢᠭᠤᠯᠤᠯᠭ᠎ᠠ ᠶᠢᠨ ᠲᠥᠯᠦᠭᠡᠯᠡᠭᠴᠢᠳ ᠲᠡᠶ ᠠᠭᠤᠯᠵᠠᠯ᠎ᠠ


«ᠢ-ᠮᠣᠩᠭᠤᠯ ᠠᠻᠠᠳᠧᠮᠢ» УТҮГ-ын ᠲᠥᠯᠦᠭᠡᠯᠡᠯ Internet Society ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠦᠭᠡᠯᠡᠭᠴᠢᠳ ᠢ 2026 ᠣᠨ ᠤ 11-ᠷ ᠰᠠᠷ᠎ᠠ ᠶᠢᠨ 04 ᠤ ᠡᠳᠦᠷ ᠬᠦᠯᠢᠶᠡᠨ ᠠᠪᠴᠤ ᠠᠭᠤᠯᠵᠠᠨ᠂ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ᠂ ᠬᠡᠷᠡᠭᠵᠢᠭᠦᠯᠵᠦ ᠪᠤᠢ ᠲᠥᠰᠦᠯ᠂ ᠬᠥᠲᠦᠯᠪᠦᠷᠢ ᠪᠣᠯᠤᠨ ᠬᠥᠭᠵᠢᠭᠦᠯᠵᠦ ᠪᠤᠢ ᠴᠠᠬᠢᠮ ᠰᠢᠰᠲ᠋ᠧᠮ ᠦᠳ ᠦᠨ ᠲᠠᠯ᠎ᠠ ᠪᠠᠷ ᠲᠠᠨᠢᠯᠴᠠᠭᠤᠯᠤᠯ᠎ᠠ᠃

ᠠᠭᠤᠯᠵᠠᠯᠲᠠ ᠳᠤ ᠴᠠᠬᠢᠮ ᠵᠠᠰᠠᠭᠯᠠᠯ ᠤᠨ ᠭᠠᠵᠠᠷ ᠤᠨ ᠳᠠᠷᠤᠭ᠎ᠠ ᠨ᠊·ᠴᠢᠩᠭᠦᠨ᠂ ᠢᠨ᠋᠊᠊ᠨᠣᠸᠠᠼ᠂ ᠰᠤᠳᠤᠯᠭᠠᠨ ᠤ ᠬᠡᠯᠲᠡᠰ ᠦᠨ ᠳᠠᠷᠤᠭ᠎ᠠ ᠸ᠊·ᠯᠤᠲᠤ-ᠸᠴᠢᠷ ᠨᠠᠷ ᠣᠷᠤᠯᠴᠠᠵᠤ᠂ ᠮᠣᠩᠭᠤᠯ ᠤᠯᠤᠰ ᠤᠨ ᠴᠠᠬᠢᠮ ᠵᠠᠰᠠᠭᠯᠠᠯ ᠤᠨ ᠬᠥᠭᠵᠢᠯ ᠳᠦ ᠪᠠᠶᠢᠭᠤᠯᠤᠯᠭ᠎ᠠ ᠶᠢᠨ ᠭᠦᠢᠴᠡᠳᠬᠡᠵᠦ ᠪᠤᠢ ᠡᠭᠦᠷᠭᠡ᠂ ᠲᠥᠷᠦ ᠶᠢᠨ ᠴᠠᠬᠢᠮ ᠦᠢᠯᠡᠴᠢᠯᠡᠭᠡᠨ ᠦ ᠨᠢᠭᠡᠳᠦᠭᠰᠡᠨ ᠰᠢᠰᠲ᠋ᠧᠮ ᠦᠨ ᠬᠥᠭᠵᠢᠭᠦᠯᠦᠯᠲᠡ᠂ ᠮᠡᠳᠡᠭᠡᠯᠡᠯ ᠰᠣᠯᠢᠯᠴᠠᠭᠠᠨ ᠤ ᠳᠡᠳ᠋ ᠪᠦᠲᠦᠴᠡ᠂ ᠴᠠᠬᠢᠮ ᠲᠠᠨᠢᠯᠲᠤ᠂ ᠪᠠᠲᠤᠯᠠᠭᠠᠵᠢᠭᠤᠯᠤᠯᠲᠠ ᠪᠣᠯᠤᠨ ᠢᠨ᠋᠊᠊ᠨᠣᠸᠠᠼ᠂ ᠰᠤᠳᠤᠯᠭᠠᠨ ᠤ ᠴᠢᠭᠯᠡᠯ ᠢᠶᠡᠷ ᠬᠡᠷᠡᠭᠵᠢᠭᠦᠯᠵᠦ ᠪᠤᠢ ᠠᠵᠢᠯ ᠤᠳ ᠢ ᠲᠠᠨᠢᠯᠴᠠᠭᠤᠯᠪᠠ᠃

ᠮᠥᠨ ᠲᠥᠷᠦ ᠶᠢᠨ ᠦᠢᠯᠡᠴᠢᠯᠡᠭᠡ ᠶᠢ ᠴᠠᠬᠢᠮᠵᠢᠭᠤᠯᠬᠤ᠂ ᠢᠷᠭᠡᠳ ᠦᠨ ᠴᠠᠬᠢᠮ ᠤᠷ᠎ᠠ ᠴᠢᠳᠠᠪᠤᠷᠢ ᠶᠢ ᠳᠡᠭᠡᠭᠰᠢᠯᠠᠭᠦᠯᠬᠦ᠂ ᠴᠠᠬᠢᠮ ᠬᠦᠷᠲᠡᠭᠡᠮᠵᠢ ᠶᠢ ᠨᠡᠮᠡᠭᠳᠡᠭᠦᠯᠬᠦ᠂ ᠴᠠᠬᠢᠮ ᠠᠶᠤᠯ ᠦᠭᠡᠢ ᠪᠠᠶᠢᠳᠠᠯ ᠢ ᠬᠠᠩᠭᠠᠬᠤ ᠴᠢᠭᠯᠡᠯ ᠢᠶᠡᠷ ᠬᠡᠷᠡᠭᠵᠢᠭᠦᠯᠵᠦ ᠪᠤᠢ ᠦᠢᠯᠡ ᠠᠵᠢᠯᠯᠠᠭ᠎ᠠ ᠪᠣᠯᠤᠨ ᠴᠢᠨᠠᠭᠰᠢᠳᠠ ᠶᠢᠨ ᠬᠥᠭᠵᠢᠯ ᠦᠨ ᠵᠣᠷᠢᠯᠲᠠ ᠨᠤᠭᠤᠳ ᠤᠨ ᠲᠠᠯ᠎ᠠ ᠪᠠᠷ ᠮᠡᠳᠡᠭᠡᠯᠡᠯ ᠰᠣᠯᠢᠯᠴᠠᠪᠠ᠃

ᠲᠠᠯ᠎ᠠ ᠨᠤᠭᠤᠳ Internet Society-ᠡᠶᠢᠨ ᠣᠯᠠᠨ ᠤᠯᠤᠰ ᠤᠨ ᠲᠤᠷᠰᠢᠯᠭ᠎ᠠ᠂ ᠰᠤᠷᠭᠠᠯᠲᠠ ᠶᠢᠨ ᠬᠥᠲᠦᠯᠪᠦᠷᠢ᠂ ᠰᠤᠳᠤᠯᠭ᠎ᠠ᠂ ᠠᠷᠭ᠎ᠠ ᠵᠦᠢ ᠶᠢ ᠮᠣᠩᠭᠤᠯ ᠤᠯᠤᠰ ᠲᠤ ᠨᠤᠲᠤᠭᠰᠢᠭᠤᠯᠬᠤ᠂ ᠴᠠᠬᠢᠮ ᠤᠷ᠎ᠠ ᠴᠢᠳᠠᠪᠤᠷᠢ ᠪᠣᠯᠤᠨ ᠢᠨ᠋ᠲ᠋ᠧᠷᠨ᠋᠋ᠧᠲ ᠦᠨ ᠵᠠᠰᠠᠭᠯᠠᠯ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠶᠢ ᠬᠡᠯᠡᠯᠴᠡᠯ᠎ᠡ᠃

ᠨᠡᠶᠢᠲᠡᠯᠡᠭᠰᠡᠨ᠄