ᠧᠦ᠋ᠷᠣᠫᠠ ᠶᠢᠨ ᠤᠯᠤᠰ ᠣᠷᠤᠨ ᠨᠤᠭᠤᠳ ᠠᠴᠠ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠲᠤᠷᠰᠢᠯᠭ᠎ᠠ ᠰᠤᠳᠤᠯᠤᠯ᠎ᠠ


ᠮᠣᠩᠭᠤᠯ ᠤᠯᠤᠰ ᠠᠴᠠ ᠲᠥᠷᠦ᠂ ᠲᠥᠷᠦ ᠶᠢᠨ ᠪᠤᠰᠤ ᠪᠠᠶᠢᠭᠤᠯᠤᠯᠭ᠎ᠠ᠂ ᠬᠡᠪᠯᠡᠯ ᠮᠡᠳᠡᠭᠡᠯᠡᠯ᠂ ᠪᠣᠯᠪᠠᠰᠤᠷᠠᠯ᠂ ᠰᠤᠳᠤᠯᠭ᠎ᠠ ᠪᠣᠯᠤᠨ ᠵᠣᠬᠢᠴᠠᠭᠤᠯᠬᠤ ᠪᠠᠶᠢᠭᠤᠯᠤᠯᠭ᠎ᠠ ᠶᠢᠨ ᠲᠥᠯᠦᠭᠡᠯᠡᠯ ᠪᠦᠬᠦᠢ 16 ᠬᠦᠮᠦᠨ ᠦ ᠪᠦᠷᠢᠯᠳᠦᠬᠦᠨ ᠲᠡᠶ ᠪᠠᠭ 2026 ᠣᠨ ᠤ 10 ᠳ᠋ᠤᠭᠠᠷ ᠰᠠᠷ᠎ᠠ ᠶᠢᠨ 12–17 ᠤ ᠡᠳᠦᠷ ᠦᠳ ᠲᠦ ᠪᠧᠯᠭᠢ᠂ ᠰᠸᠧᠳᠧᠨ ᠤᠯᠤᠰ ᠲᠤ ᠲᠤᠷᠰᠢᠯᠭ᠎ᠠ ᠰᠤᠳᠤᠯᠬᠤ ᠬᠥᠲᠦᠯᠪᠦᠷᠢᠲᠦ ᠬᠠᠮᠤᠷᠤᠭᠳᠠᠪᠠ᠃

ᠲᠥᠯᠦᠭᠡᠯᠡᠭᠴᠢᠳ ᠦᠨ ᠪᠦᠷᠢᠯᠳᠦᠬᠦᠨ ᠳᠦ ᠵᠣᠬᠢᠶᠠᠨ ᠪᠠᠶᠢᠭᠤᠯᠤᠭᠴᠢ ᠬᠡᠪᠯᠡᠯ ᠦᠨ ᠬᠦᠷᠢᠶᠡᠯᠡᠩ ᠦᠨ ᠲᠥᠯᠦᠭᠡᠯᠡᠯ ᠦᠳ᠂ ᠮᠣᠩᠭᠤᠯ ᠤᠯᠤᠰ ᠤᠨ ᠶᠡᠬᠡ ᠬᠤᠷᠠᠯ ᠤᠨ ᠭᠡᠰᠢᠭᠦᠨ᠂ ᠤᠯᠤᠰ ᠤᠨ ᠶᠡᠬᠡ ᠬᠤᠷᠠᠯ ᠤᠨ ᠬᠦᠮᠦᠨ ᠦ ᠡᠷᠬᠡ ᠶᠢᠨ ᠳᠡᠳ᠋ ᠬᠣᠷᠢᠶᠠᠨ ᠤ ᠳᠠᠷᠤᠭ᠎ᠠ ᠬ᠊·ᠪᠠᠰᠠᠩᠵᠠᠷᠭᠠᠯ᠂ ᠮᠣᠩᠭᠤᠯ ᠤᠯᠤᠰ ᠤᠨ ᠶᠡᠬᠡ ᠬᠤᠷᠠᠯ ᠤᠨ ᠭᠡᠰᠢᠭᠦᠨ ᠫ᠊·ᠨᠠᠷᠠᠨᠪᠠᠶᠠᠷ᠂ ᠴᠠᠬᠢᠮ ᠬᠥᠭᠵᠢᠯ᠂ ᠢᠨ᠋᠊᠊ᠨᠣᠸᠠᠼ᠂ ᠬᠠᠷᠢᠯᠴᠠᠭ᠎ᠠ ᠬᠣᠯᠪᠤᠭᠠᠨ ᠤ ᠶᠠᠮᠤ᠂ ᠬᠠᠷᠢᠯᠴᠠᠭ᠎ᠠ ᠬᠣᠯᠪᠤᠭᠠᠨ ᠤ ᠵᠣᠬᠢᠴᠠᠭᠤᠯᠬᠤ ᠬᠣᠷᠢᠶ᠎ᠠ᠂ ᠪᠣᠯᠪᠠᠰᠤᠷᠠᠯ ᠤᠨ ᠰᠤᠳᠤᠯᠭᠠᠨ ᠤ ᠦᠨᠳᠦᠰᠦᠨ ᠦ ᠬᠦᠷᠢᠶᠡᠯᠡᠩ᠂ «ᠢ-ᠮᠣᠩᠭᠤᠯ ᠠᠻᠠᠳᠧᠮᠢ» УТҮГ᠂ ᠮᠣᠩᠭᠤᠯ ᠤᠯᠤᠰ ᠤᠨ ᠬᠦᠮᠦᠨ ᠦ ᠡᠷᠬᠡ ᠶᠢᠨ ᠦᠨᠳᠦᠰᠦᠨ ᠦ ᠻᠣᠮᠢᠰᠰ᠂ ᠰᠢᠨᠵᠢᠯᠡᠬᠦ ᠤᠬᠠᠭᠠᠨ ᠤ ᠠᠻᠠᠳᠧᠮᠢ᠂ «ᠪᠦᠬᠦ ᠨᠡᠶᠢᠲᠡ ᠪᠣᠯᠪᠠᠰᠤᠷᠠᠯ ᠤᠨ ᠲᠥᠯᠦᠭᠡ»! – ᠢᠷᠭᠡᠨ ᠦ ᠨᠡᠶᠢᠭᠡᠮ ᠦᠨ ᠪᠠᠶᠢᠭᠤᠯᠤᠯᠭ᠎ᠠ ᠨᠤᠭᠤᠳ ᠤᠨ ᠦᠨᠳᠦᠰᠦᠨ ᠦ ᠡᠪᠰᠡᠯ᠂ ᠪᠣᠯᠪᠠᠰᠤᠷᠠᠯ ᠤᠨ ᠬᠠᠮᠲᠤ ᠶᠢᠨ ᠠᠵᠢᠯᠯᠠᠭᠠᠨ ᠤ ᠨᠡᠶᠢᠭᠡᠮᠯᠢᠭ᠂ NTV Mongolia᠂ gogo᠊·mn ᠪᠠᠶᠢᠭᠤᠯᠤᠯᠭ᠎ᠠ ᠨᠤᠭᠤᠳ ᠤᠨ ᠲᠥᠯᠦᠭᠡᠯᠡᠯ ᠪᠠᠭᠲᠠᠵᠤ ᠠᠵᠢᠯᠯᠠᠯ᠎ᠠ᠃

ᠧᠦ᠋ᠷᠣᠫᠠ ᠶᠢᠨ ᠲᠤᠷᠰᠢᠯᠭ᠎ᠠ ᠶᠢ ᠮᠣᠩᠭᠤᠯ ᠤᠯᠤᠰ ᠤᠨ ᠦᠨᠳᠦᠰᠦᠨ ᠦ ᠪᠣᠳᠤᠯᠭ᠎ᠠ᠂ ᠫᠷᠠᠻᠲ᠋ᠢᠭ ᠲᠤ ᠲᠤᠰᠬᠠᠬᠤ ᠨᠢ:

ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠨᠢ ᠵᠥᠪᠬᠡᠨ ᠬᠤᠳᠠᠯ᠂ ᠲᠠᠰᠢᠶ᠎ᠠ ᠮᠡᠳᠡᠭᠡᠯᠡᠯ ᠢ ᠲᠠᠨᠢᠬᠤ᠂ ᠴᠠᠬᠢᠮ ᠲᠧᠭᠨᠣᠯᠤᠭᠢ ᠠᠰᠢᠭᠯᠠᠬᠤ ᠤᠷ᠎ᠠ ᠴᠢᠳᠠᠪᠤᠷᠢ ᠪᠠᠷ ᠬᠢᠵᠠᠭᠠᠷᠯᠠᠭᠳᠠᠬᠤ ᠦᠭᠡᠢ᠃ ᠡᠨᠡ ᠨᠢ ᠢᠷᠭᠡᠨ ᠪᠦᠷᠢ ᠦᠵᠡᠯ ᠪᠣᠳᠤᠯ ᠢᠶᠠᠨ ᠴᠢᠯᠦᠭᠡ ᠲᠡᠶ ᠢᠯᠡᠷᠬᠡᠶᠢᠯᠡᠬᠦ᠂ ᠮᠡᠳᠡᠭᠡᠯᠡᠯ ᠬᠠᠶᠢᠬᠤ᠂ ᠬᠦᠯᠢᠶᠡᠨ ᠠᠪᠬᠤ᠂ ᠲᠦᠭᠡᠭᠡᠬᠦ ᠡᠷᠬᠡ ᠪᠡᠨ ᠪᠣᠳᠠᠲᠠᠢ ᠬᠡᠷᠡᠭᠵᠢᠭᠦᠯᠬᠦ᠂ ᠮᠡᠳᠡᠭᠡᠯᠡᠯ ᠦᠨ ᠡᠬᠡ ᠰᠤᠷᠪᠤᠯᠵᠢ᠂ ᠠᠭᠤᠯᠭ᠎ᠠ᠂ ᠵᠣᠷᠢᠯᠭ᠎ᠠ᠂ ᠨᠠᠶᠢᠳᠠᠪᠤᠷᠢ ᠲᠠᠢ ᠪᠠᠶᠢᠳᠠᠯ ᠢ ᠰᠢᠭᠦᠨ ᠲᠤᠩᠭᠠᠵᠤ ᠦᠨᠡᠯᠡᠬᠦ᠂ ᠨᠣᠲᠠᠯᠠᠭᠠᠨ ᠳᠤ ᠰᠠᠭᠤᠷᠢᠯᠠᠭᠰᠠᠨ ᠰᠶᠢᠳᠪᠦᠷᠢ ᠭᠠᠷᠭᠠᠬᠤ᠂ ᠨᠡᠶᠢᠭᠡᠮ᠂ ᠤᠯᠤᠰ ᠲᠥᠷᠦ ᠶᠢᠨ ᠦᠢᠯᠡ ᠶᠠᠪᠤᠴᠠ ᠳᠤ ᠤᠬᠠᠮᠰᠠᠷ ᠲᠠᠢ᠂ ᠬᠠᠷᠢᠭᠤᠴᠠᠯᠭ᠎ᠠ ᠲᠠᠢ ᠣᠷᠤᠯᠴᠠᠬᠤ ᠠᠷᠠᠳᠴᠢᠯᠠᠭᠰᠠᠨ ᠨᠡᠶᠢᠭᠡᠮ ᠦᠨ ᠰᠠᠭᠤᠷᠢ ᠴᠢᠳᠠᠮᠵᠢ ᠶᠠᠭᠤᠮ᠎ᠠ᠃

ᠴᠠᠬᠢᠮ ᠫᠯᠠᠲ᠋ᠹᠣᠷᠮ ᠤᠳ᠂ ᠬᠢᠮᠡᠯ ᠣᠶᠤᠨ᠂ ᠮᠡᠳᠡᠭᠡᠯᠡᠯ ᠦᠢᠯᠡᠳᠪᠦᠷᠢᠯᠡᠬᠦ᠂ ᠲᠦᠭᠡᠭᠡᠬᠦ ᠰᠢᠨ᠎ᠡ ᠲᠧᠭᠨᠣᠯᠤᠭᠢ ᠡᠷᠴᠢᠮ ᠲᠡᠶ ᠬᠥᠭᠵᠢᠵᠦ ᠪᠤᠢ ᠥᠨᠦ ᠶᠢᠨ ᠨᠥᠬᠦᠴᠡᠯ ᠳᠦ ᠢᠷᠭᠡᠳ ᠦᠨ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠢ ᠳᠡᠭᠡᠭᠰᠢᠯᠠᠭᠦᠯᠬᠦ ᠨᠢ ᠬᠦᠮᠦᠨ ᠦ ᠡᠷᠬᠡ ᠶᠢ ᠬᠠᠮᠠᠭᠠᠯᠠᠬᠤ᠂ ᠠᠷᠠᠳᠴᠢᠯᠠᠭᠰᠠᠨ ᠣᠷᠤᠯᠴᠠᠭ᠎ᠠ ᠶᠢ ᠥᠷᠭᠡᠵᠢᠭᠦᠯᠬᠦ᠂ ᠨᠡᠶᠢᠭᠡᠮ ᠦᠨ ᠮᠡᠳᠡᠭᠡᠯᠡᠯ ᠦᠨ ᠣᠷᠴᠢᠨ ᠤ ᠲᠣᠭᠲᠠᠪᠤᠷᠢ ᠲᠠᠶ ᠪᠠᠶᠢᠳᠠᠯ ᠢ ᠬᠠᠩᠭᠠᠬᠤ ᠤᠷᠲᠤ ᠬᠤᠭᠤᠴᠠᠭᠠᠨ ᠤ ᠪᠣᠳᠤᠯᠭ᠎ᠠ ᠶᠢᠨ ᠵᠣᠷᠢᠯᠲᠠ ᠪᠣᠯᠵᠤ ᠪᠠᠶᠢᠨ᠎ᠠ᠃

ᠲᠤᠷᠰᠢᠯᠭ᠎ᠠ ᠰᠤᠳᠤᠯᠬᠤ ᠠᠵᠢᠯ ᠤᠨ аялалын ᠨᠢᠭᠡ ᠭᠣᠣᠯ ᠵᠣᠷᠢᠯᠭ᠎ᠠ ᠨᠢ ᠮᠣᠩᠭᠤᠯ ᠤᠯᠤᠰ ᠲᠤ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠦᠨᠳᠦᠰᠦᠨ ᠦ ᠪᠣᠳᠤᠯᠭ᠎ᠠ᠂ институцийн ᠵᠣᠬᠢᠴᠠᠭᠤᠯᠤᠯᠲᠠ᠂ ᠰᠠᠯᠪᠤᠷᠢ ᠬᠣᠭᠤᠷᠤᠨᠳᠤ ᠶᠢᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠳᠦ ᠠᠰᠢᠭᠯᠠᠵᠤ ᠪᠣᠯᠬᠤ ᠧᠦ᠋ᠷᠣᠫᠠ ᠶᠢᠨ ᠲᠤᠷᠰᠢᠯᠭ᠎ᠠ ᠶᠢ ᠰᠤᠳᠤᠯᠬᠤ ᠶᠠᠪᠤᠳᠠᠯ ᠪᠠᠶᠢᠪᠠ᠃

ᠡᠨᠡ ᠬᠦᠷᠢᠶᠡᠨ ᠳᠦ ᠤᠯᠤᠰ ᠤᠨ ᠶᠡᠬᠡ ᠬᠤᠷᠠᠯ᠂ ᠲᠥᠷᠦ ᠶᠢᠨ ᠪᠠᠶᠢᠭᠤᠯᠤᠯᠭ᠎ᠠ᠂ ᠪᠣᠯᠪᠠᠰᠤᠷᠠᠯ᠂ ᠰᠤᠳᠤᠯᠭ᠎ᠠ᠂ ᠬᠡᠪᠯᠡᠯ ᠮᠡᠳᠡᠭᠡᠯᠡᠯ᠂ ᠢᠷᠭᠡᠨ ᠦ ᠨᠡᠶᠢᠭᠡᠮ ᠦᠨ ᠲᠥᠯᠦᠭᠡᠯᠡᠯ ᠢ ᠣᠷᠤᠯᠴᠠᠭᠤᠯᠤᠭᠰᠠᠨ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠦᠨᠳᠦᠰᠦᠨ ᠦ ᠬᠣᠷᠢᠶ᠎ᠠ ᠪᠠᠶᠢᠭᠤᠯᠬᠤ ᠪᠣᠯᠤᠮᠵᠢ᠂ ᠲᠡᠭᠦᠨ ᠦ ᠡᠭᠦᠷᠭᠡ᠂ ᠵᠣᠬᠢᠶᠠᠨ ᠪᠠᠶᠢᠭᠤᠯᠤᠯᠲᠠ᠂ ᠰᠠᠯᠪᠤᠷᠢ ᠬᠣᠭᠤᠷᠤᠨᠳᠤ ᠶᠢᠨ ᠬᠠᠮᠲᠤ ᠶᠢᠨ ᠠᠵᠢᠯᠯᠠᠭᠠᠨ ᠤ ᠮᠧᠬᠠᠨᠢᠰᠮ ᠢ ᠴᠢᠨᠠᠭᠰᠢᠳᠠ ᠰᠤᠳᠤᠯᠤᠨ ᠬᠡᠯᠡᠯᠴᠡᠬᠦ ᠳᠦ ᠠᠵᠢᠯ ᠤᠨ ᠠᠶᠠᠯᠠᠯ ᠤᠨ ᠦᠶ᠎ᠡ ᠪᠡᠷ ᠣᠯᠵᠤ ᠠᠪᠤᠭᠰᠠᠨ ᠮᠡᠳᠡᠯᠭᠡ᠂ ᠲᠤᠷᠰᠢᠯᠭ᠎ᠠ ᠠᠴᠢ ᠬᠣᠯᠪᠤᠭᠳᠠᠯᠲᠠᠢ ᠶᠠᠭᠤᠮ᠎ᠠ᠃

ᠡᠶᠢᠮᠦ ᠵᠣᠬᠢᠴᠠᠭᠤᠯᠤᠯᠲᠠ ᠶᠢᠨ ᠮᠧᠬᠠᠨᠢᠰᠮ ᠨᠢ ᠦᠨᠳᠦᠰᠦᠨ ᠦ ᠪᠣᠳᠤᠯᠭ᠎ᠠ ᠶᠢᠨ ᠤᠶᠠᠯᠳᠤᠭ᠎ᠠ ᠶᠢ ᠬᠠᠩᠭᠠᠬᠤ᠂ ᠣᠷᠤᠯᠴᠠᠭᠴᠢ ᠲᠠᠯ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠲᠣᠭᠲᠠᠮᠠᠯᠵᠢᠭᠤᠯᠬᠤ᠂ ᠮᠡᠳᠡᠯᠭᠡ᠂ ᠮᠡᠳᠡᠭᠡᠯᠡᠯ᠂ ᠰᠠᠶᠢᠨ ᠲᠤᠷᠰᠢᠯᠭ᠎ᠠ ᠰᠣᠯᠢᠯᠴᠠᠬᠤ᠂ ᠬᠡᠷᠡᠭᠵᠢᠯᠲᠡ ᠳᠦ ᠬᠢᠨᠠᠯᠲᠠ-ᠰᠢᠨᠵᠢᠯᠡᠭᠡ᠂ ᠦᠨᠡᠯᠡᠭᠡ ᠬᠢᠬᠦ ᠳᠦ ᠳᠡᠮᠵᠢᠯᠭᠡ ᠦᠵᠡᠭᠦᠯᠬᠦ ᠪᠣᠯᠤᠮᠵᠢ ᠲᠠᠶ ᠪᠥᠭᠡᠳ ᠮᠣᠩᠭᠤᠯ ᠤᠯᠤᠰ ᠤᠨ ᠡᠷᠬᠡ ᠵᠦᠢ ᠶᠢᠨ ᠪᠣᠯᠤᠨ институцийн ᠨᠥᠬᠦᠴᠡᠯ ᠳᠦ ᠨᠡᠶᠢᠴᠡᠭᠦᠯᠦᠨ ᠴᠢᠨᠠᠭᠰᠢᠳᠠ ᠬᠡᠯᠡᠯᠴᠡᠨ ᠪᠣᠯᠪᠠᠰᠤᠷᠠᠭᠤᠯᠬᠤ ᠱᠠᠭᠠᠷᠳᠠᠯᠭ᠎ᠠ ᠲᠠᠢ᠃

ᠪᠧᠯᠭᠢ᠂ ᠰᠸᠧᠳᠧᠨ ᠤᠯᠤᠰ ᠲᠤ ᠬᠢᠭᠰᠡᠨ ᠲᠤᠷᠰᠢᠯᠭ᠎ᠠ ᠰᠤᠳᠤᠯᠬᠤ ᠠᠵᠢᠯ ᠤᠨ ᠠᠶᠠᠯᠠᠯ ᠤᠨ ᠦᠷ᠎ᠡ ᠳ᠋ᠦᠩ ᠢ ᠧᠦ᠋ᠷᠣᠫᠠ ᠶᠢᠨ ᠬᠣᠯᠪᠤᠭᠠᠨ ᠤ ᠰᠠᠩᠬᠦᠵᠢᠯᠲᠡ ᠲᠡᠶ ᠲᠥᠰᠦᠯ ᠦᠨ ᠳᠠᠷᠠᠭ᠎ᠠ ᠶᠢᠨ ᠦᠢᠯᠡ ᠠᠵᠢᠯᠯᠠᠭᠠᠨ ᠳᠤ ᠲᠤᠰᠬᠠᠨ᠎ᠠ᠃ ᠲᠤᠬᠠᠶᠢᠯᠠᠪᠠᠯ᠂ 2026 ᠣᠨ ᠤ 10 ᠳ᠋ᠤᠭᠠᠷ ᠰᠠᠷ᠎ᠠ ᠶᠢᠨ 29 ᠳᠤ ᠵᠣᠬᠢᠶᠠᠨ ᠪᠠᠶᠢᠭᠤᠯᠬᠤ ᠲᠥᠷᠦ ᠶᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠴᠢᠳᠠᠪᠬᠢ ᠪᠡᠬᠢᠵᠢᠭᠦᠯᠬᠦ ᠰᠤᠷᠭᠠᠯᠲᠠ᠂ 10 ᠳ᠋ᠤᠭᠠᠷ ᠰᠠᠷ᠎ᠠ ᠶᠢᠨ 30 ᠳᠤ ᠪᠣᠯᠬᠤ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠤᠨ ᠦᠨᠳᠦᠰᠦᠨ ᠦ ᠴᠢᠭᠤᠯᠭᠠᠨ ᠤ ᠦᠶ᠎ᠡ ᠪᠡᠷ ᠧᠦ᠋ᠷᠣᠫᠠ ᠶᠢᠨ ᠲᠤᠷᠰᠢᠯᠭ᠎ᠠ ᠶᠢ ᠮᠣᠩᠭᠤᠯ ᠤᠨ ᠣᠷᠤᠯᠴᠠᠭᠴᠢ ᠲᠠᠯ᠎ᠠ ᠨᠤᠭᠤᠳ ᠲᠠᠢ ᠬᠤᠪᠢᠶᠠᠯᠴᠠᠵᠤ᠂ ᠪᠣᠳᠤᠯᠭ᠎ᠠ ᠶᠢᠨ ᠲᠡᠷᠢᠭᠦᠯᠡᠬᠦ ᠴᠢᠭᠯᠡᠯ᠂ институцийн ᠬᠠᠮᠲᠤ ᠶᠢᠨ ᠠᠵᠢᠯᠯᠠᠭ᠎ᠠ᠂ ᠬᠡᠷᠡᠭᠵᠢᠭᠦᠯᠬᠦ ᠪᠣᠯᠤᠮᠵᠢ ᠲᠠᠶ ᠠᠷᠭ᠎ᠠ ᠵᠠᠮ ᠤᠳ ᠤᠨ ᠲᠠᠯ᠎ᠠ ᠪᠠᠷ ᠬᠡᠯᠡᠯᠴᠡᠬᠦ ᠪᠡᠷ ᠲᠥᠯᠦᠪᠯᠡᠵᠦ ᠪᠠᠶᠢᠨ᠎ᠠ᠃

ᠡᠨᠡ ᠬᠦ ᠠᠵᠢᠯ ᠤᠨ ᠠᠶᠠᠯᠠᠯ ᠨᠢ ᠮᠣᠩᠭᠤᠯ ᠤᠯᠤᠰ ᠲᠤ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠢ ᠬᠦᠮᠦᠨ ᠦ ᠡᠷᠬᠡ᠂ ᠠᠷᠠᠳᠴᠢᠯᠠᠭᠰᠠᠨ ᠵᠠᠰᠠᠭᠯᠠᠯ᠂ ᠢᠷᠭᠡᠨ ᠦ ᠣᠷᠤᠯᠴᠠᠭ᠎ᠠ᠂ ᠪᠣᠯᠪᠠᠰᠤᠷᠠᠯ ᠤᠨ ᠪᠣᠳᠤᠯᠭ᠎ᠠ ᠲᠠᠶ ᠤᠶᠠᠯᠳᠤᠭᠤᠯᠤᠨ ᠬᠥᠭᠵᠢᠭᠦᠯᠬᠦ ᠳᠦ ᠱᠠᠭᠠᠷᠳᠠᠯᠭ᠎ᠠ ᠲᠠᠢ ᠣᠯᠠᠨ ᠤᠯᠤᠰ ᠤᠨ ᠮᠡᠳᠡᠯᠭᠡ᠂ ᠲᠤᠷᠰᠢᠯᠭ᠎ᠠ ᠶᠢ ᠬᠤᠷᠠᠮᠲᠤᠯᠠᠭᠤᠯᠬᠤ᠂ ᠧᠦ᠋ᠷᠣᠫᠠ ᠶᠢᠨ ᠪᠠᠶᠢᠭᠤᠯᠤᠯᠭ᠎ᠠ ᠨᠤᠭᠤᠳ ᠲᠠᠢ ᠮᠡᠷᠭᠡᠵᠢᠯ ᠦᠨ ᠪᠣᠯᠤᠨ институцийн ᠬᠠᠷᠢᠯᠴᠠᠭ᠎ᠠ ᠶᠢ ᠥᠷᠭᠡᠵᠢᠭᠦᠯᠬᠦ ᠴᠢᠬᠤᠯᠠ ᠠᠯᠬᠤᠮ ᠪᠣᠯᠤᠯ᠎ᠠ᠃

ᠮᠣᠩᠭᠤᠯ ᠤᠯᠤᠰ ᠤᠨ ᠲᠥᠯᠦᠭᠡᠯᠡᠭᠴᠢᠳ ᠦᠨ 2026 ᠣᠨ ᠤ 10 ᠳ᠋ᠤᠭᠠᠷ ᠰᠠᠷ᠎ᠠ ᠶᠢᠨ 12–17 ᠤ ᠡᠳᠦᠷ ᠦᠳ ᠲᠦ ᠪᠧᠯᠭᠢ ᠶᠢᠨ ᠬᠠᠭᠠᠨᠲᠤ ᠤᠯᠤᠰ ᠪᠣᠯᠤᠨ ᠰᠸᠧᠳᠧᠨ ᠦ ᠬᠠᠭᠠᠨᠲᠤ ᠤᠯᠤᠰ ᠲᠤ ᠬᠢᠭᠰᠡᠨ ᠲᠤᠷᠰᠢᠯᠭ᠎ᠠ ᠰᠤᠳᠤᠯᠬᠤ ᠠᠵᠢᠯ ᠤᠨ ᠠᠶᠢᠯᠴᠢᠯᠠᠯ ᠤᠨ ᠬᠦᠷᠢᠶᠡᠨ ᠳᠦ ᠮᠣᠩᠭᠤᠯ ᠤᠯᠤᠰ ᠠᠴᠠ ᠪᠧᠯᠭᠢ ᠶᠢᠨ ᠬᠠᠭᠠᠨᠲᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠯᠠ᠃ ᠪᠣᠯᠤᠳ ᠲᠥᠯᠦᠭᠡᠯᠡᠭᠴᠢᠳ ᠢ ᠪᠷᠦ᠋ᠰᠰᠧᠯ ᠬᠣᠲᠠᠨ᠎ᠠ᠂ ᠮᠣᠩᠭᠤᠯ ᠤᠯᠤᠰ ᠠᠴᠠ ᠰᠸᠧᠳᠧᠨ ᠦ ᠬᠠᠭᠠᠨᠲᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠼ᠃ ᠮᠥᠩᠬᠡ-ᠥᠯᠵᠡᠢ Стокгольм ᠬᠣᠲᠠᠨ᠎ᠠ ᠲᠤᠰ ᠲᠤᠰ ᠬᠦᠯᠢᠶᠡᠨ ᠠᠪᠴᠤ ᠠᠭᠤᠯᠵᠠᠪᠠ᠃

ᠡᠳᠡᠭᠡᠷ ᠠᠭᠤᠯᠵᠠᠯᠲᠠ ᠨᠢ ᠮᠣᠩᠭᠤᠯ ᠤᠯᠤᠰ ᠤᠨ ᠧᠦ᠋ᠷᠣᠫᠠ ᠶᠢᠨ ᠲᠦᠩᠰᠢ ᠣᠷᠤᠨ ᠨᠤᠭᠤᠳ ᠲᠠᠢ ᠬᠥᠭᠵᠢᠭᠦᠯᠵᠦ ᠢᠷᠡᠭᠰᠡᠨ ᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠤᠯᠠᠮ ᠪᠡᠬᠢᠵᠢᠭᠦᠯᠬᠦ᠂ ᠳ᠋ᠢᠫᠯᠣᠮᠠᠲ ᠬᠠᠷᠢᠯᠴᠠᠭ᠎ᠠ᠂ ᠬᠠᠷᠢᠯᠴᠠᠨ ᠣᠶᠢᠯᠠᠭᠠᠯᠴᠠᠯ ᠢ ᠭᠦᠨᠵᠡᠭᠡᠶᠢᠷᠡᠭᠦᠯᠬᠦ᠂ ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ᠂ ᠬᠡᠪᠯᠡᠯ ᠦᠨ ᠡᠷᠬᠡ ᠴᠢᠯᠦᠭᠡ᠂ ᠬᠦᠮᠦᠨ ᠦ ᠡᠷᠬᠡ᠂ ᠠᠷᠠᠳᠴᠢᠯᠠᠭᠰᠠᠨ ᠵᠠᠰᠠᠭᠯᠠᠯ ᠤᠨ ᠴᠢᠭᠯᠡᠯ ᠢᠶᠡᠷ ᠮᠡᠳᠡᠯᠭᠡ᠂ ᠲᠤᠷᠰᠢᠯᠭ᠎ᠠ ᠰᠣᠯᠢᠯᠴᠠᠬᠤ᠂ ᠴᠢᠨᠠᠭᠰᠢᠳᠠ ᠶᠢᠨ ᠬᠠᠮᠲᠤ ᠶᠢᠨ ᠠᠵᠢᠯᠯᠠᠭᠠᠨ ᠤ ᠪᠣᠯᠤᠮᠵᠢ ᠶᠢ ᠥᠷᠭᠡᠵᠢᠭᠦᠯᠬᠦ ᠳᠦ ᠴᠢᠬᠤᠯᠠ ᠠᠴᠢ ᠬᠣᠯᠪᠤᠭᠳᠠᠯᠲᠠᠢ ᠪᠠᠶᠢᠪᠠ᠃

ᠲᠡᠭᠦᠨᠴᠢᠯᠡᠨ ᠡᠳᠡᠭᠡᠷ ᠠᠭᠤᠯᠵᠠᠯᠲᠠ ᠨᠢ ᠠᠷᠠᠳᠴᠢᠯᠠᠯ ᠤᠨ ᠦᠨᠡᠲᠦ ᠵᠦᠢᠯᠡᠰ ᠢ ᠪᠡᠬᠢᠵᠢᠭᠦᠯᠬᠦ᠂ ᠢᠷᠭᠡᠳ ᠦᠨ ᠮᠡᠳᠡᠭᠡᠯᠡᠯ ᠳᠦ ᠰᠠᠭᠤᠷᠢᠯᠠᠭᠰᠠᠨ ᠣᠷᠤᠯᠴᠠᠭ᠎ᠠ ᠶᠢ ᠳᠡᠮᠵᠢᠬᠦ᠂ ᠬᠦᠮᠦᠨ ᠦ ᠡᠷᠬᠡ ᠳᠦ ᠰᠠᠭᠤᠷᠢᠯᠠᠭᠰᠠᠨ᠂ ᠬᠦᠷᠲᠡᠭᠡᠮᠵᠢ ᠲᠡᠶ᠂ ᠮᠡᠳᠡᠭᠡᠯᠡᠯ ᠦᠨ ᠰᠥᠷᠭᠦ ᠨᠥᠯᠦᠭᠡᠯᠡᠯ ᠳᠦ ᠲᠡᠰᠪᠦᠷᠢ ᠲᠡᠶ ᠮᠡᠳᠡᠭᠡᠯᠡᠯ ᠦᠨ ᠣᠷᠴᠢᠨ ᠢ ᠮᠣᠩᠭᠤᠯ ᠤᠯᠤᠰ ᠲᠤ ᠲᠥᠯᠦᠪᠰᠢᠭᠦᠯᠬᠦ ᠳᠦ ᠪᠠᠶᠢᠭᠤᠯᠤᠯᠭ᠎ᠠ ᠬᠣᠭᠤᠷᠤᠨᠳᠤ ᠶᠢᠨ ᠪᠣᠳᠤᠯᠭ᠎ᠠ ᠶᠢᠨ ᠶᠠᠷᠢᠶ᠎ᠠ ᠬᠡᠯᠡᠯᠴᠡᠭᠡ᠂ ᠬᠠᠷᠢᠯᠴᠠᠨ ᠲᠤᠷᠰᠢᠯᠭ᠎ᠠ ᠰᠣᠯᠢᠯᠴᠠᠬᠤ ᠦᠢᠯᠡ ᠠᠵᠢᠯᠯᠠᠭ᠎ᠠ᠂ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠬᠥᠭᠵᠢᠭᠦᠯᠬᠦ ᠶᠢᠨ ᠠᠴᠢ ᠬᠣᠯᠪᠤᠭᠳᠠᠯ ᠢ ᠣᠨᠴᠠᠯᠠᠭᠰᠠᠨ ᠶᠠᠭᠤᠮ᠎ᠠ᠃

ᠲᠥᠰᠦᠯ ᠦᠨ ᠲᠤᠬᠠᠢ

ᠧᠦ᠋ᠷᠣᠫᠠ ᠶᠢᠨ ᠬᠣᠯᠪᠤᠭᠠᠨ ᠤ ᠰᠠᠩᠬᠦᠵᠢᠯᠲᠡ ᠪᠡᠷ ᠬᠡᠪᠯᠡᠯ ᠦᠨ ᠬᠦᠷᠢᠶᠡᠯᠡᠩ ᠡᠴᠡ ᠦᠵᠡᠭᠴᠢᠳ ᠦᠨ ᠡᠷᠬᠡ ᠠᠰᠢᠭ ᠢ ᠬᠠᠮᠠᠭᠠᠯᠠᠬᠤ ᠧᠦ᠋ᠷᠣᠫᠠ ᠶᠢᠨ ᠨᠢᠭᠡᠳᠦᠯ ᠲᠡᠶ ᠬᠠᠮᠲᠤᠷᠠᠨ 2026–2028 ᠣᠨ ᠳᠤ ᠬᠡᠷᠡᠭᠵᠢᠭᠦᠯᠵᠦ ᠪᠤᠢ «ᠬᠡᠪᠯᠡᠯ ᠮᠡᠳᠡᠭᠡᠯᠡᠯ᠂ ᠮᠡᠳᠡᠭᠡᠯᠡᠯ ᠦᠨ ᠰᠠᠭᠤᠷᠢ ᠪᠣᠯᠪᠠᠰᠤᠷᠠᠯ ᠢᠶᠠᠷ ᠢᠷᠭᠡᠨ ᠦ ᠨᠡᠶᠢᠭᠡᠮ ᠢ ᠴᠢᠳᠠᠪᠬᠢᠵᠢᠭᠤᠯᠵᠤ᠂ ᠮᠣᠩᠭᠤᠯ ᠤᠨ ᠠᠷᠠᠳᠴᠢᠯᠠᠯ ᠢ ᠪᠡᠬᠢᠵᠢᠭᠦᠯᠬᠦ ᠨᠢ» ᠲᠥᠰᠦᠯ ᠨᠢ ᠢᠷᠭᠡᠨ ᠦ ᠨᠡᠶᠢᠭᠡᠮ ᠦᠨ ᠪᠠᠶᠢᠭᠤᠯᠤᠯᠭ᠎ᠠ ᠨᠤᠭᠤᠳ ᠤᠨ ᠴᠢᠳᠠᠪᠬᠢ ᠶᠢ ᠪᠡᠬᠢᠵᠢᠭᠦᠯᠬᠦ᠂ ᠢᠷᠭᠡᠳ ᠦᠨ ᠮᠡᠳᠡᠭᠡᠯᠡᠯ ᠳᠦ ᠰᠢᠭᠦᠮᠵᠢᠯᠡᠯ ᠲᠡᠶ ᠬᠠᠨᠳᠤᠬᠤ ᠴᠢᠳᠠᠪᠤᠷᠢ ᠶᠢ ᠳᠡᠭᠡᠭᠰᠢᠯᠠᠭᠦᠯᠬᠦ᠂ ᠴᠠᠬᠢᠮ ᠣᠷᠴᠢᠨ ᠳ᠋ᠠᠬᠢ ᠠᠶᠤᠯ ᠦᠭᠡᠢ᠂ ᠬᠠᠷᠢᠭᠤᠴᠠᠯᠭ᠎ᠠ ᠲᠠᠢ ᠣᠷᠤᠯᠴᠠᠭ᠎ᠠ ᠶᠢ ᠳᠡᠮᠵᠢᠬᠦ᠂ ᠮᠡᠳᠡᠭᠡᠯᠡᠯ ᠳᠦ ᠰᠠᠭᠤᠷᠢᠯᠠᠭᠰᠠᠨ ᠢᠷᠭᠡᠨ ᠦ ᠣᠷᠤᠯᠴᠠᠭ᠎ᠠ ᠶᠢ ᠥᠷᠭᠡᠵᠢᠭᠦᠯᠬᠦ ᠵᠠᠮ ᠢᠶᠠᠷ ᠮᠣᠩᠭᠤᠯ ᠤᠯᠤᠰ ᠤᠨ ᠠᠷᠠᠳᠴᠢᠯᠠᠭᠰᠠᠨ ᠮᠡᠳᠡᠭᠡᠯᠡᠯ ᠦᠨ ᠣᠷᠴᠢᠨ ᠤ ᠲᠣᠭᠲᠠᠪᠤᠷᠢ ᠲᠠᠶ ᠬᠥᠭᠵᠢᠯ ᠳᠦ ᠬᠤᠪᠢ ᠨᠡᠮᠡᠷᠢ ᠣᠷᠤᠭᠤᠯᠬᠤ ᠵᠣᠷᠢᠯᠭ᠎ᠠ ᠲᠠᠶ᠃

ᠨᠡᠶᠢᠲᠡᠯᠡᠭᠰᠡᠨ᠄